Та "Internet explorer"-ийн сүүлийн хувилбар болох "Microsoft edge"-г ашиглана уу

Хэрэв "Microsoft edge"-г татах бол энд дарж татаж авна уу

thumbnail 2024.05.17 Ontsgoi baidliin alba haagchdad turiin deed tsol 1
2024.05.17 Ontsgoi baidliin alba haagchdad turiin deed tsol 1
ᠣᠨᠴᠤᠭᠤᠢ ᠪᠠᠶᠢᠳᠠᠯ ᠤᠨ ᠠᠯᠪᠠ ᠬᠠᠭᠠᠭᠴᠢᠳ ᠲᠤ ᠲᠥᠷᠥ ᠶᠢᠨ ᠳᠡᠭᠡᠳᠦ ᠴᠣᠯᠠ᠂ ᠣᠳᠣᠨ᠂ ᠮᠧᠳᠠᠯᠢ ᠬᠦᠷᠲᠡᠭᠡᠯ᠎ᠡ

ᠣᠨᠴᠤᠭᠤᠢ ᠪᠠᠢᠢᠳᠠᠯ ᠤᠨ ᠠᠯᠪᠠ ᠪᠠᠢᠢᠭᠤᠯᠤᠭᠳᠠᠰᠤᠨ ᠤ 20 ᠵᠢᠯ ᠦᠨ ᠣᠢ ᠶᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠶᠢᠨ ᠬᠦᠷᠡᠯᠰᠦ᠋ᠬᠡ ᠵᠠᠷᠯᠢᠭ ᠭᠠᠷᠭᠠᠨ᠂ ᠭᠠᠮᠰᠢᠭ ᠤᠨ ᠠᠶᠤᠯ ᠠᠴᠠ ᠠᠷᠠᠳ ᠢᠷᠭᠡᠳ ᠦᠨ ᠠᠮᠢ ᠨᠠᠰᠤ ᠶᠢ ᠠᠪᠤᠷᠠᠨ ᠬᠠᠮᠠᠭᠠᠯᠠᠬᠤ᠂ ᠤᠷᠢᠳᠴᠢᠯᠠᠨ ᠰᠡᠷᠭᠡᠢᠢᠯᠡᠬᠦ ᠡᠭᠦᠷᠭᠡ ᠪᠡᠨ ᠨᠡᠷ᠎ᠡ ᠲᠥᠷᠥ ᠲᠡᠢ ᠪᠢᠶᠡᠯᠡᠭᠦᠯᠵᠦ᠂ ᠦᠷ᠎ᠡ ᠪᠦᠲᠦᠭᠡᠯ ᠲᠡᠢ ᠠᠵᠢᠯᠯᠠᠨ᠂ ᠡᠬᠡ ᠣᠷᠣᠨ ᠢᠶᠠᠨ ᠬᠥᠭ᠍ᠵᠢᠭᠦᠯᠬᠦ ᠦᠢᠯᠡ ᠬᠡᠷᠡᠭ ᠲᠥ ᠬᠤᠪᠢ ᠨᠡᠮᠡᠷᠢ ᠣᠷᠣᠭᠤᠯᠵᠤ ᠪᠤᠢ ᠡᠷᠬᠢᠮ ᠦᠳ ᠲᠥ ᠲᠥᠷᠥ ᠶᠢᠨ ᠳᠡᠭᠡᠳᠦ ᠴᠣᠯᠠ᠂ ᠣᠳᠣᠨ᠂ ᠮᠧᠳᠠᠯᠢ ᠬᠦᠷᠲᠡᠭᠡᠯ ᠡ᠃

ᠭᠠᠪᠢᠶᠠᠲᠤ ᠡᠳ᠋ ‍ᠦᠨ ᠵᠠᠰᠠᠭᠴᠢ ᠴᠣᠯᠠ ᠪᠠᠷ᠄

• ᠣᠨᠴᠤᠭᠤᠢ ᠪᠠᠢᠢᠳᠠᠯ ᠤᠨ ᠶᠡᠷᠦᠩᠬᠡᠢ ᠭᠠᠵᠠᠷ ᠤᠨ ᠠᠬᠠᠮᠠᠳ ᠤᠨ ᠬᠣᠷᠢᠶᠠᠨ ᠤ ᠭᠡᠰᠢᠭᠦᠨ᠂ ᠪᠡᠯᠡᠳᠬᠡᠯ

thumbnail 2024.05.17 Ontsgoi baidliin alba haagchid enkh tsagiin baatar 1
2024.05.17 Ontsgoi baidliin alba haagchid enkh tsagiin baatar 1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠄ ᠣᠨᠴᠤᠭᠤᠢ ᠪᠠᠢᠢᠳᠠᠯ ᠤᠨ ᠠᠯᠪᠠ ᠬᠠᠭᠠᠭᠴᠢᠳ ᠪᠣᠯ ᠡ᠊ᠩᠬᠡ ᠴᠠᠭ ᠤᠨ ᠡᠭᠡᠯ ᠪᠠᠭᠠᠲᠤᠷ ᠤᠳ

ᠡᠨᠡ ᠡᠳᠦᠷ ᠦᠳ ᠲᠥ ᠣᠨᠴᠤᠭᠤᠢ ᠪᠠᠢᠢᠳᠠᠯ ᠤᠨ ᠠᠯᠪᠠ ᠪᠠᠢᠢᠭᠤᠯᠤᠭᠳᠠᠭᠰᠠᠨ ᠤ 20 ᠵᠢᠯ ᠦᠨ ᠣᠢ ᠲᠣᠬᠢᠶᠠᠵᠤ ᠪᠠᠢᠢᠨ᠎ᠠ᠃ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ 2004 ᠣᠨ ᠤ ᠨᠢᠭᠡᠳᠦᠭᠡᠷ ᠲᠣᠭᠲᠠᠭᠠᠯ ᠢᠶᠠᠷ ᠭᠠᠯ ᠲᠦᠢᠮᠡᠷ ᠲᠡᠢ ᠲᠡᠮᠡᠴᠡᠬᠦ ᠭᠠᠵᠠᠷ᠂ ᠤᠯᠤᠰ ᠤᠨ ᠢᠷᠭᠡᠨ ᠦ ᠬᠠᠮᠠᠭᠠᠯᠠᠯᠲᠠ ᠢᠢᠨ ᠭᠠᠵᠠᠷ᠂ ᠤᠯᠤᠰ ᠤᠨ ᠨᠥᠭᠡᠴᠡ ᠢᠢᠨ ᠭᠠᠵᠠᠷ ᠢ ᠨᠢᠭᠡᠳᠬᠡᠵᠦ ᠣᠨᠴᠤᠭᠤᠢ ᠪᠠᠢᠢᠳᠠᠯ ᠤᠨ ᠠᠯᠪᠠ ᠢᠢ ᠪᠠᠢᠢᠭᠤᠯᠤᠭᠰᠠᠨ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋ᠯᠠᠭᠴᠢ ᠤᠬᠤᠨ᠎ᠠ ᠢᠢᠨ ᠬᠦᠷᠡᠯᠰᠦ᠋ᠬᠡ ᠣᠨᠴᠤᠭᠤᠢ ᠪᠠᠢᠢᠳᠠᠯ ᠤᠨ ᠠᠯᠪᠠᠨ ᠤ ᠣᠢ ᠢᠢᠨ ᠬᠦᠨᠳᠦᠳᠬᠡᠯ ᠦᠨ ᠶᠣᠰᠣᠯᠠᠯ ᠳᠤ ᠣᠷᠣᠯᠴᠠᠯ᠎ᠠ᠃

ᠲᠡᠷᠡ ᠪᠡᠷ ᠦᠨᠳᠦᠰᠦᠨ ᠦ ᠠᠶᠤᠯ ᠦᠭᠡᠢ ᠪᠠᠢᠢᠳᠠᠯ᠂ ᠠᠷᠠᠳ ᠢᠷᠭᠡᠳ ᠦᠨ ᠠᠮᠤᠭᠤᠯᠠᠩ ᠲᠠᠢᠢᠪᠤᠩ ᠠᠮᠢᠳᠤᠷᠠᠯ ᠤᠨ ᠪᠠᠲᠤᠯᠠᠭ᠎ᠠ

thumbnail 2024.05.17 Temuujin ... ankhnii saidiin neremjit shagnal 1
2024.05.17 Temuujin ... ankhnii saidiin neremjit shagnal 1
ᠠᠬᠠᠯᠠᠬᠤ ᠠᠬᠠᠯᠠᠭᠴᠢ ᠲ᠊᠂ ᠲᠡᠮᠦᠵᠢᠨ 《ᠣᠨᠴᠤᠭᠤᠢ ᠪᠠᠢᠢᠳᠠᠯ ᠤᠨ ᠠᠯᠪᠠᠨ ᠤ ᠠᠩᠬᠠᠨ ᠤ ᠰᠠᠢᠢᠳ ᠤᠨ ᠨᠡᠷᠡᠮᠵᠢᠲᠦ ᠱᠠᠩᠨᠠᠯ》 ᠭᠠᠷᠳᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋ᠯᠠᠭᠴᠢ ᠤᠬᠤᠨ᠎ᠠ ᠢᠢᠨ ᠬᠦᠷᠡᠯᠰᠦ᠋ᠬᠡ ᠬᠠᠨ-ᠠᠭᠤᠯᠠ ᠳᠡᠭᠦᠷᠭᠡ ᠢᠢᠨ ᠣᠨᠴᠤᠭᠤᠢ ᠪᠠᠢᠢᠳᠠᠯ ᠤᠨ ᠬᠡᠯᠲᠡᠰ ᠦᠨ ᠭᠠᠯ ᠲᠦᠢᠮᠡᠷ ᠤᠨᠲᠠᠷᠠᠭᠠᠬᠤ᠂ ᠠᠪᠤᠷᠠᠬᠤ 14 ᠳ᠋ᠤᠭᠡᠷ ᠠᠩ᠋ᠭᠢ ᠢᠢᠨ ᠠᠪᠤᠷᠠᠭᠴᠢ ᠭᠠᠯ ᠰᠥᠨᠦᠭᠡᠭ᠍ᠴᠢ᠂ ᠠᠬᠠᠯᠠᠬᠤ ᠠᠬᠠᠯᠠᠭᠴᠢ ᠲ᠊᠂ ᠲᠡᠮᠦᠵᠢᠨ ᠳᠥ 《ᠣᠨᠴᠤᠭᠤᠢ ᠪᠠᠢᠢᠳᠠᠯ ᠤᠨ ᠠᠯᠪᠠᠨ ᠤ ᠠᠩᠬᠠᠨ ᠤ ᠰᠠᠢᠢᠳ ᠤᠨ ᠨᠡᠷᠡᠮᠵᠢᠲᠦ ᠱᠠᠩᠨᠠᠯ》᠂ 20 ᠰᠠᠶ᠎ᠠ ᠲᠥᠭᠦᠷᠢᠭ᠌ ᠭᠠᠷᠳᠠᠭᠤᠯᠤᠯ᠎ᠠ᠃

ᠠᠬᠠᠯᠠᠬᠤ ᠠᠬᠠᠯᠠᠭᠴᠢ ᠲ᠊᠂ ᠲᠡᠮᠦᠵᠢᠨ ᠣᠨᠴᠤᠭᠤᠢ ᠪᠠᠢᠢᠳᠠᠯ ᠤᠨ ᠪᠠᠢᠢᠭᠤᠯᠤᠯᠭ᠎ᠠ ᠳᠤ 22 ᠳᠠᠬᠢ ᠵᠢᠯ ᠳᠠᠭᠡᠨ ᠠᠵᠢᠯᠯᠠᠵᠤ ᠪᠠᠢᠢᠨ᠎ᠠ᠃ ᠡᠨᠡ ᠬᠤᠭᠤᠴᠠᠭᠠᠨ ᠳᠤ 3.400 ᠣᠷᠴᠢᠮ ᠤᠳᠠᠭ᠎ᠠ ᠢᠢᠨ ᠳᠠᠭᠤᠳᠠᠯᠭ᠎ᠠ ᠳᠤ ᠠᠵᠢᠯᠯᠠᠵᠤ᠂ 2.056 ᠬᠦᠮᠦᠨ ᠦ ᠠᠮᠢ ᠨᠠᠰᠤ᠂ 256 ᠲᠡᠷᠪᠤᠮ

thumbnail 2024.05.17 us gun tsewershiileh uildwer 1
2024.05.17 us gun tsewershiileh uildwer 1
ᠤᠰᠤ ᠭᠦᠨ ᠴᠡᠪᠡᠷᠰᠢᠭᠦᠯᠬᠦ ᠦᠢᠯᠡᠳᠪᠦᠷᠢ ᠢᠢᠨ ᠪᠦᠲᠦᠭᠡᠨ ᠪᠠᠢᠢᠭᠤᠯᠤᠯᠲᠠ ᠢᠷᠡᠬᠦ ᠣᠨ ᠳᠤ ᠪᠥᠷᠢᠨ ᠳᠠᠭᠤᠰᠤᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠢᠩ᠋ᠭᠠᠨ ᠤ ᠰᠣᠷᠢᠯᠲᠠ ᠢᠢᠨ II ᠻᠣᠮᠫᠠᠻᠲ ᠭᠡᠷ᠎ᠡ ᠢᠢᠨ ᠬᠦᠷᠢᠶᠡᠨ ᠳᠥ ᠪᠠᠷᠢᠵᠤ ᠪᠤᠢ ᠳᠡᠪᠰᠢᠯᠲᠡᠲᠦ ᠲᠧᠭᠨᠣᠯᠣᠭᠢ ᠪᠦᠬᠦᠢ ᠤᠰᠤ ᠭᠦᠨ ᠴᠡᠪᠡᠷᠰᠢᠭᠦᠯᠬᠦ ᠦᠢᠯᠡᠳᠪᠦᠷᠢ ᠢᠢᠨ ᠪᠦᠲᠦᠭᠡᠨ ᠪᠠᠢᠢᠭᠤᠯᠤᠯᠲᠠ ᠲᠠᠢ ᠲᠠᠨᠢᠯᠴᠠᠯ᠎ᠠ᠃

2021 ᠣᠨ ᠳᠤ ᠡᠬᠢᠯᠡᠭᠰᠡᠨ ᠠᠵᠢᠯ ᠤᠨ ᠶᠠᠪᠤᠴᠠ 56 ᠬᠤᠪᠢ ᠲᠠᠢ ᠪᠠᠢᠢᠭ᠎ᠠ ᠪᠥᠭᠡᠳ ᠢᠷᠡᠬᠦ ᠣᠨ ᠳᠤ ᠪᠦᠷᠢᠨ ᠳᠠᠭᠤᠰᠴᠤ᠂ ᠲᠤᠷᠰᠢᠯᠲᠠ᠂ ᠲᠣᠬᠢᠷᠠᠭᠤᠯᠭ᠎ᠠ ᠢᠢᠨ ᠠᠵᠢᠯ ᠡᠬᠢᠯᠡᠨ᠎ᠡ᠃ ᠮᠣᠩ᠋ᠭᠣᠯ ᠤᠯᠤᠰ᠂ ᠠᠮᠧᠷᠢᠻᠠ ᠢᠢᠨ ᠨᠢᠭᠡᠳᠦᠭᠰᠡᠨ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠠᠲᠤᠳᠬᠠᠬᠤ᠂ ᠬᠠᠷᠢᠯᠴᠠᠭᠠᠨ ᠤ ᠪᠡᠯᠭᠡ ᠲᠡᠮᠳᠡᠭ ᠪᠣᠯᠬᠤ ᠡᠨᠡ ᠲᠥᠰᠦᠯ ᠨᠡᠢᠢᠰᠯᠡᠯᠴᠦᠳ᠂ ᠪᠠᠢᠢᠭᠤᠯᠤᠯᠭ᠎ᠠ᠂ ᠦᠢᠯᠡᠳᠪᠦᠷᠢ᠂ ᠠᠵᠤ ᠠᠬᠤᠢ ᠢᠢᠨ ᠨᠢᠭᠡᠴᠡ ᠨᠤᠭᠦᠳ ᠢ ᠤᠰᠤ ᠪᠠᠷ

thumbnail 2024.04.15 Radnaa 1
2024.04.15 Radnaa 1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠭᠠᠪᠢᠶᠠᠲᠤ ᠲᠠᠮᠢᠷᠴᠢᠨ ᠴᠡ᠊᠂ ᠷᠠᠳᠨᠠ ᠢᠢ ᠬᠦᠯᠢᠶᠡᠨ ᠠᠪᠴᠤ ᠬᠦᠨᠳᠦᠳᠬᠡᠯ ᠦᠵᠡᠭᠦᠯᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠠᠪᠢᠶᠠᠲᠤ ᠲᠠᠮᠢᠷᠴᠢᠨ᠂ ᠳᠡᠯᠡᠬᠡᠢ ᠢᠢᠨ ᠭᠦᠶᠦᠯᠲᠡ ᠢᠢᠨ ᠷᠧᠻᠣᠷᠳ᠋ ᠡᠵᠡᠮᠰᠢᠭᠴᠢ ᠴᠡ᠊᠂ ᠷᠠᠳᠨᠠ ᠢᠢ ᠬᠦᠯᠢᠶᠡᠨ ᠠᠪᠴᠤ ᠬᠦᠨᠳᠦᠳᠬᠡᠯ ᠦᠵᠡᠭᠦᠯᠦᠯ᠎ᠡ᠃

ᠴᠡ᠊᠂ ᠷᠠᠳᠨᠠ ᠭᠤᠸᠠᠢ 1962 ᠣᠨ ᠳᠤ ᠪᠡᠶ᠎ᠡ ᠢᠢᠨ ᠲᠠᠮᠢᠷ ᠤᠨ ᠳᠡᠭᠡᠳᠦ ᠰᠤᠷᠭᠠᠭᠤᠯᠢ ᠳᠤ ᠣᠷᠣᠭᠰᠠᠨ ᠠᠴᠠ ᠬᠣᠢᠢᠰᠢ ᠰᠫᠣᠷᠲ ᠲᠠᠢ ᠠᠮᠢᠳᠤᠷᠠᠯ ᠢᠶᠠᠨ ᠬᠣᠯᠪᠣᠵᠤ᠂ 1966 ᠣᠨ ᠠᠴᠠ ᠪᠤᠶᠤ ᠰᠤᠷᠭᠠᠭᠤᠯᠢ ᠪᠠᠨ ᠲᠡᠭᠦᠰᠥᠭᠡᠳ ᠬᠥᠩ᠋ᠭᠡᠨ ᠠᠲ᠋ᠯᠧᠲ᠋ᠢᠭ᠋᠂ ᠲᠡᠷᠡ ᠳᠤᠮᠳᠠ ᠪᠠᠨ ᠣᠢᠢᠷ᠎ᠠ ᠢᠢᠨ ᠪᠣᠯᠤᠨ ᠳᠤᠮᠳᠠ ᠢᠢᠨ ᠵᠠᠢ ᠢᠢᠨ ᠭᠦᠶᠦᠯᠲᠡ ᠪᠡᠷ ᠮᠡᠷᠭᠡᠵᠢᠯ ᠦᠨ ᠲᠦᠪᠰᠢᠨ ᠳᠥ ᠬᠢᠴᠢᠶᠡᠯᠯᠡᠵᠦ᠂ ᠤᠷᠤᠯᠳᠤᠭᠠᠨ᠂ ᠲᠡᠮᠡᠴᠡᠭᠡᠨ ᠳᠥ ᠣᠷᠣᠯᠴᠠᠵᠤ ᠪᠠᠢᠢᠵᠠᠢ᠃

2019 ᠣᠨ ᠳᠤ 85 ᠨᠠᠰᠤᠲᠠᠢ ᠳᠠᠭᠠᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠲᠤ ᠪᠣᠯᠤᠭᠰᠠᠨ ᠬᠥᠩ᠋ᠭᠡᠨ

thumbnail 2024.05.15 hokkey 1
2024.05.15 hokkey 1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠬᠣᠻᠻᠧᠢ ᠢᠢᠨ ᠦᠨᠳᠦᠰᠦᠨ ᠦ ᠰᠢᠭᠰᠢᠭᠡ ᠪᠠᠭ ᠤᠨ ᠲᠠᠮᠢᠷᠴᠢᠳ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠣᠻᠻᠧᠢ ᠢᠢᠨ ᠦᠨᠳᠦᠰᠦᠨ ᠦ ᠰᠢᠭᠰᠢᠭᠡ ᠪᠠᠭ ᠤᠨ ᠳᠠᠰᠬᠠᠯᠵᠢᠭᠤᠯᠤᠭᠴᠢ᠂ ᠲᠠᠮᠢᠷᠴᠢᠳ ᠢ ᠬᠦᠯᠢᠶᠡᠨ ᠠᠪᠴᠤ ᠠᠭᠤᠯᠵᠠᠵᠤ᠂ ᠪᠠᠶᠠᠷ ᠬᠦᠷᠭᠡᠯ ᠡ᠃

ᠬᠣᠻᠻᠧᠢ ᠢᠢᠨ ᠦᠨᠳᠦᠰᠦᠨ ᠦ ᠰᠢᠭᠰᠢᠭᠡ ᠪᠠᠭ 2024 ᠣᠨ ᠤ 04 ᠳ᠋ᠤᠭᠡᠷ ᠰᠠᠷ᠎ᠠ ᠢᠢᠨ 15-20 ᠍ ᠤ ᠡᠳᠦᠷ ᠦᠳ ᠲᠥ ᠻᠦᠸᠠᠢᠢᠲ ᠤᠯᠤᠰ ᠲᠤ ᠪᠣᠯᠤᠭᠰᠠᠨ ᠬᠣᠻᠻᠧᠢ ᠢᠢᠨ ᠳᠡᠯᠡᠬᠡᠢ ᠢᠢᠨ ᠠᠪᠤᠷᠭᠤ ᠰᠢᠯᠭᠠᠷᠠᠭᠤᠯᠬᠤ IV ᠳ᠋ᠢᠸᠢᠽᠢᠦᠨ ᠤ ᠲᠡᠮᠡᠴᠡᠭᠡᠨ ᠡᠴᠡ ᠠᠯᠲᠠᠨ ᠮᠧᠳᠠᠯᠢ ᠬᠦᠷᠲᠡᠭᠰᠡᠨ᠃

ᠮᠥᠨ ᠵᠠᠯᠠᠭᠤᠴᠤᠳ ᠤᠨ ᠰᠢᠭᠰᠢᠭᠡ ᠪᠠᠭ 2024 ᠣᠨ ᠤ 04 ᠳᠤᠭᠡᠷ ᠰᠠᠷ᠎ᠠ ᠢᠢᠨ 21-30 ᠍ ᠤ ᠡᠳᠦᠷ ᠦᠳ ᠳᠥ ᠦᠽᠪᠧᠻᠢᠰᠲ᠋ᠠᠨ ᠤᠯᠤᠰ ᠲᠤ ᠪᠣᠯᠤᠭᠰᠠᠨ ᠠᠽᠶ ᠢᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠬᠦᠷᠡᠯ ᠮᠧᠳᠠᠯᠢ ᠬᠦᠷᠲᠡᠭᠰᠡᠨ ᠶᠤᠮ᠃

ᠮᠣᠩ᠋ᠭᠣᠯ